︽ᠨᠠᠮ ᠤᠨ ᠦᠯᠢᠭᠡᠷ ᠢ ᠶᠠᠷᠢᠵᠤ ᠤᠯᠠᠭᠠᠨ ᠪᠥᠴᠡᠲᠡᠨ ᠲᠠᠶᠢᠯᠪᠤᠷᠢᠯᠠᠭᠴᠢ ᠪᠣᠯᠬᠤ ᠪᠠᠷ ᠴᠢᠷᠮᠠᠶᠢᠶ᠎ᠠ︾ ᠪᠠᠭᠠᠷᠢᠨ ᠪᠠᠷᠠᠭᠤᠨ ᠬᠤᠰᠢᠭᠤᠨ ᠤ ᠤᠯᠠᠭᠠᠨ ᠪᠥᠴᠡᠲᠡᠨ ᠲᠠᠶᠢᠯᠪᠤᠷᠢᠯᠠᠭᠴᠢ ᠶᠢᠨ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/7/3
       7 ᠰᠠᠷ᠎ᠠ ᠶᠢᠨ 2᠎ ᠤ ᠡᠳᠦᠷ᠂ ᠡᠪ ᠬᠠᠮᠲᠣ ᠵᠠᠯᠠᠭᠤᠴᠣᠳ ᠤᠨ ᠡᠪᠯᠡᠯ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠨᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠰᠢᠭᠤᠨ ᠤ ᠪᠠᠭᠠᠴᠤᠳ ᠤᠨ ᠠᠵᠢᠯ ᠤᠨ ᠵᠥᠪᠯᠡᠯ᠂ ᠳ᠋ᠠᠪᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠲᠠᠢ ᠬᠠᠮᠲᠤᠷᠠᠨ ︽ᠨᠠᠮ ᠤᠨ ᠦᠯᠢᠭᠡᠷ ᠢ ᠶᠠᠷᠢᠵᠤ ᠤᠯᠠᠭᠠᠨ ᠪᠥᠴᠡᠲᠡᠨ ᠲᠠᠶᠢᠯᠪᠤᠷᠢᠯᠠᠭᠴᠢ ᠪᠣᠯᠬᠤ ᠪᠠᠷ ᠴᠢᠷᠮᠠᠶᠢᠶ᠎ᠠ︾ ᠭᠡᠬᠦ 2025 ᠣᠨ ᠤ ᠪᠠᠭᠠᠷᠢᠨ ᠪᠠᠷᠠᠭᠤᠨ ᠬᠤᠰᠢᠭᠤᠨ ᠤ ᠤᠯᠠᠭᠠᠨ ᠪᠦᠴᠡᠳᠡᠨ ᠲᠠᠶᠢᠯᠪᠤᠷᠢᠯᠠᠭᠴᠢ ᠶᠢᠨ ᠤᠷᠤᠯᠳᠤᠭᠠᠨ ᠢ ᠡᠷᠭᠢᠯᠡᠪᠡ᠃ ᠪᠦᠬᠦ ᠬᠤᠰᠢᠭᠤᠨ ᠤ 20 ᠰᠢᠯᠢᠳᠡᠭ ᠤᠯᠠᠭᠠᠨ ᠪᠦᠴᠡᠳᠡᠨ ᠲᠠᠶᠢᠯᠪᠤᠷᠢᠯᠠᠭᠴᠢ ᠲᠤᠰ ᠤᠳᠠᠭᠠᠨ ᠤ ᠤᠷᠤᠯᠳᠤᠭᠠᠨ ᠳᠤ ᠣᠷᠣᠯᠴᠠᠪᠠ᠃       ᠤᠷᠤᠯᠳᠤᠭᠠᠨ ᠤ ᠲᠤᠬᠠᠶ ᠶᠢᠨ ᠲᠠᠯᠠᠪᠠᠶ ᠳᠤ᠂ ᠤᠯᠠᠭᠠᠨ ᠪᠦᠴᠡᠳᠡᠨ ᠲᠠᠶᠢᠯᠪᠤᠷᠢᠯᠠᠭᠴᠢ ᠴᠤᠭ ᠵᠢᠪᠬᠤᠭ᠎ᠠ ᠲᠡᠭᠦᠯᠳᠡᠷ ᠪᠠᠶᠢᠵᠤ᠂ ᠨᠠᠮ ᠤᠨ ᠲᠡᠦᠬᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠨᠤᠲᠤᠭ ᠤᠰᠤᠨ ᠤ ᠬᠥᠭᠵᠢᠯᠲᠡ ᠶᠢᠨ ᠠᠮᠵᠢᠯᠲᠠ ᠪᠦᠲᠦᠮᠵᠢ ᠵᠡᠷᠭᠡ ᠲᠠᠯ᠎ᠠ ᠪᠠᠷ ᠲᠠᠶᠢᠯᠤᠮᠵᠢ ᠬᠢᠵᠦ᠂ ᠥᠪᠡᠷᠮᠢᠴᠡ ᠬᠠᠷᠠᠭᠠᠰᠤ ᠪᠠ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠡᠷᠡᠰ ᠵᠣᠷᠢᠭ ᠢᠶᠠᠨ ᠢᠯᠡᠳᠬᠡᠪᠡ᠃ ᠨᠢᠯᠬᠠᠰᠠᠭ ᠪᠥᠭᠡᠳ ᠡᠷᠡᠰ ᠪᠠᠲᠤ ᠲᠠᠭᠤᠨ ᠢᠶᠠᠷ ᠲᠠᠮᠵᠢᠭᠤᠯᠤᠨ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠨᠢ ᠬᠥᠮᠦᠰ ᠤᠨ ᠰᠡᠳᠬᠢᠯ ᠶᠢ ᠳᠠᠬᠢᠨᠲᠠ ᠳᠣᠭᠳᠣᠯᠤᠭᠤᠯᠵᠤ ᠂ ᠨᠤᠲᠤᠭ ᠤᠰᠤᠨ ᠤ ᠬᠢᠨᠢ ᠬᠥᠭᠵᠢᠯᠲᠡ ᠶᠢᠨ ᠠᠮᠵᠢᠯᠲᠠ ᠪᠦᠲᠦᠮᠵᠢ ᠨᠠᠩ ᠠᠮᠢᠳᠤᠯᠢᠭ ᠪᠣᠳᠠᠲᠠᠶ ᠪᠣᠯᠵᠣ᠂ ᠰᠢᠨ᠎ᠡ ᠴᠠᠭ ᠦᠶ᠎ᠡ ᠶᠢᠨ ᠪᠠᠭᠠᠴᠤᠳ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃       ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠰᠢᠯᠭᠠᠷᠠᠭᠤᠯᠬᠤ ᠺᠣᠮᠢᠰ ᠤᠨ ᠭᠡᠰᠢᠭᠦᠳ ᠨᠢᠭᠡᠳᠦᠭᠡᠷ ᠳᠡᠰ ᠤᠨ ᠱᠠᠩᠨᠠᠯ 1 ᠨᠡᠷ᠎ᠠ᠂ ᠬᠤᠶᠠᠳᠤᠭᠠᠷ ᠳᠡᠰ ᠤᠨ ᠱᠠᠩᠨᠠᠯ 2 ᠨᠡᠷ᠎ᠠ᠂ ᠭᠤᠷᠪᠠᠳᠤᠭᠠᠷ ᠳᠡᠰ ᠤᠨ ᠱᠠᠩᠨᠠᠯ 3 ᠨᠡᠷ᠎ᠠ᠂ ᠰᠢᠯᠢᠳᠡᠭ ᠱᠠᠩᠨᠠᠯ 14 ᠨᠡᠷ᠎ᠠ ᠰᠢᠯᠭᠠᠷᠠᠭᠤᠯᠪᠠ᠃        ᠲᠣᠰ ᠤᠳᠠᠭᠠᠨ ᠤ ᠤᠯᠠᠭᠠᠨ ᠪᠥᠴᠡᠲᠡᠨ ᠲᠠᠶᠢᠯᠪᠤᠷᠢᠯᠠᠭᠴᠢ ᠶᠢᠨ ᠤᠷᠤᠯᠳᠤᠭᠠᠨ ᠨᠢ ᠨᠠᠮ᠂ ᠡᠪᠯᠡᠯ᠂ ᠠᠩᠭᠢ ᠶᠢᠨ ᠱᠠᠲᠤᠯᠢᠭ ᠬᠡᠯᠪᠡᠷᠢ ᠶᠢᠨ ᠦᠰᠦᠨ ᠪᠤᠶᠢᠵᠢᠯᠲᠠ ᠶᠢ ᠤᠷᠮᠠᠰᠢᠭᠤᠯᠬᠤ ᠰᠢᠰᠲ᠋ᠧᠮ ᠢ ᠪᠠᠶᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠢᠷᠠᠭᠤ ᠠᠯᠳᠠᠷᠲᠤ ᠰᠡᠳᠬᠢᠯᠭᠡ ᠶᠢ ᠨᠡᠮᠡᠭᠳᠡᠭᠦᠯᠬᠦ ᠪᠣᠳᠠᠲᠠᠶ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠥᠬᠡᠶ᠂ ᠨᠠᠩ ᠴᠤ ᠪᠥᠬᠦ ᠬᠤᠰᠢᠭᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠤᠬᠠᠮᠰᠠᠷ ᠠᠴᠠ ᠪᠠᠨ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠴᠠᠭ ᠦᠶ᠎ᠡ ᠶᠢᠨ ᠰᠢᠨ᠎ᠡ ᠬᠥᠮᠦᠨ ᠤ ᠠᠮᠢᠳᠤᠯᠢᠭ ᠦᠢᠯᠡᠳᠦᠯᠭᠡ ᠪᠣᠯᠬᠤ ᠪᠠᠷ ᠴᠢᠷᠮᠠᠶᠢᠬᠤ ᠶᠢ ᠬᠥᠮᠦᠵᠢᠭᠦᠯᠦᠨ ᠵᠢᠯᠣᠭᠤᠳᠬᠤ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠰᠢᠭᠤᠨ ᠤ ᠬᠤᠷᠢᠶ᠎ᠠ ᠤᠯᠠᠭᠠᠨ ᠪᠥᠴᠡᠲᠡᠨ ᠤ ᠲᠠᠶᠢᠯᠪᠤᠷᠢᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠦᠯᠬᠡ ᠪᠠᠷ ᠬᠥᠮᠦᠨ ᠬᠥᠮᠦᠵᠢᠭᠦᠯᠬᠦ ᠠᠭᠤᠯᠤᠭᠳᠠᠬᠤᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠢ ᠬᠥᠲᠥᠯᠥᠨ ᠵᠢᠯᠣᠭᠤᠳᠴᠤ ᠪᠠᠶᠢᠭᠠᠳ  ᠦᠢᠯᠡᠳᠦᠯᠭᠡ ᠶᠢᠨ ᠳᠤᠮᠳᠠ ᠡᠬᠡ ᠣᠷᠣᠨᠴᠢ ᠬᠠᠶᠢᠷ᠎ᠠ ᠰᠡᠳᠬᠢᠯᠭᠡ ᠶᠢ ᠨᠢ ᠵᠤᠵᠠᠭᠠᠳᠬᠠᠵᠤ᠂ ᠵᠣᠷᠢᠭ ᠰᠠᠨᠠᠭ᠎ᠠ ᠵᠠᠩ ᠴᠢᠨᠠᠷ ᠢ ᠨᠢ ᠳᠠᠪᠲᠠᠨ ᠪᠣᠯᠪᠠᠰᠤᠷᠠᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠭᠠᠬᠤ ᠪᠠᠷ ᠴᠢᠷᠮᠠᠶᠢᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ