| | | | ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠳ᠋ᠠᠪᠠᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠴᠢᠨ ᠤ ᠡᠪᠯᠡᠯ ᠲᠣᠰ | ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠵᠠᠭᠤᠨ ᠳ᠋ᠦᠩᠰᠢᠭᠤᠷ ᠵᠦᠭ ᠴᠢᠷᠮᠠᠶᠢᠨ | ᠤᠷᠤᠭᠰᠢᠯᠠᠬᠤ︾ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠯᠠᠪᠳᠠᠭᠤᠨ ᠪᠠᠲᠤᠲᠠᠶ ᠥᠷᠨᠢᠭᠦᠯᠵᠦ᠂ ᠰᠢᠰᠲ᠋ᠧᠮ ᠲᠠᠢ ᠲᠥᠯᠥᠪᠵᠢᠭᠦᠯᠬᠦ᠂ | ᠠᠴᠢᠶᠠᠯᠠᠪᠤᠷᠢ ᠶᠢᠨ ᠰᠢᠨ᠎ᠡ ᠶᠢ ᠡᠭᠦᠳᠬᠦ᠂ ᠣᠨᠢᠨ ᠳᠡᠭᠡᠷ᠎ᠡ ᠨᠢ ᠬᠦᠴᠦᠯᠡᠬᠦ ᠪᠠᠷ ᠳᠡᠮᠵᠢᠨ᠂ ᠭᠤᠤᠯ ᠰᠡᠳᠦᠪᠲᠦ ᠬᠥᠳᠡᠯᠮᠦᠷᠢ ᠶᠢᠨ ᠤᠷᠤᠯᠳᠤᠭᠠᠨ ᠢ | ᠭᠦᠨᠵᠡᠭᠡᠶᠢᠷᠡᠭᠦᠯᠦᠨ ᠥᠷᠨᠢᠭᠦᠯᠬᠦ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ | ᠨᠡᠮᠡᠷᠢᠯᠡᠪᠡ᠃ | ᠺᠣᠮᠫᠠᠨᠢ ᠶᠢᠨ ᠠᠵᠢᠯᠴᠢᠨ ᠤ ᠡᠪᠯᠡᠯ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠡᠵᠡᠩᠨᠡᠯᠲᠡ ᠶᠢᠨ ᠦᠷ᠎ᠡ ᠠᠰᠢᠭ | ᠵᠡᠷᠭᠡ ᠭᠤᠣᠯ ᠡᠭᠦᠷᠭᠡ ᠶᠢᠨ ᠲᠣᠭᠤᠷᠢᠨ ᠳᠤ ᠪᠦᠬᠦ ᠠᠵᠢᠯᠲᠠᠨ ᠢ ᠬᠠᠮᠤᠷᠤᠭᠰᠠᠨ᠂ ᠪᠦᠬᠦ ᠶᠠᠪᠤᠴᠠ ᠳᠤ ᠲᠤᠭᠤᠰᠢᠯᠠᠭᠳᠠᠭᠰᠠᠨ ᠤᠷᠤᠯᠳᠤᠭᠠᠨ ᠤ ᠰᠢᠰᠲ᠋ᠧᠮ ᠢ | ᠪᠠᠶᠢᠭᠤᠯᠪᠠ᠃ ᠦᠢᠯᠡᠳᠪᠦᠷᠢ ᠶᠢᠨ ᠶᠠᠪᠤᠳᠠᠯ ᠢ ᠢᠯᠡ ᠪᠣᠯᠭᠠᠬᠤ ᠪᠤᠯᠤᠩ᠂ ᠶᠡᠷᠦᠩᠬᠡᠶᠢᠯᠡᠭᠰᠡᠨ ᠠᠯᠪᠠᠨ ᠠᠵᠢᠯ ᠤᠨ ᠰᠢᠰᠲ᠋ᠧᠮ ᠵᠡᠷᠭᠡ ᠤᠬᠠᠭᠤᠯᠭ᠎ᠠ ᠶᠢᠨ | ᠵᠢᠭᠰᠠᠭᠠᠯ ᠤᠨ ᠭᠠᠵᠠᠷ ᠲᠤ ᠲᠦᠰᠢᠭᠯᠡᠨ᠂ ᠪᠣᠰᠤᠭ᠎ᠠ ᠴᠣᠭᠴᠠᠲᠤ ᠳᠠᠶᠢᠴᠢᠯᠠᠯᠲᠠ ᠶᠢ ᠥᠷᠨᠢᠭᠦᠯᠵᠦ᠂ ᠤᠷᠤᠯᠳᠤᠭᠠᠨ ᠤ ᠬᠠᠷᠠᠯᠲᠠ᠂ ᠲᠦᠷᠢᠮ᠂ ᠱᠠᠩᠨᠠᠯ ᠤᠨ | ᠲᠣᠭᠲᠠᠴᠠ ᠶᠢ ᠪᠥᠬᠦ ᠬᠥᠮᠦᠰ ᠲᠤ ᠮᠡᠳᠡᠭᠦᠯᠵᠦ᠂ ︽ᠬᠥᠮᠦᠨ ᠪᠦᠬᠦᠨ ᠤᠷᠤᠯᠳᠤᠭᠠᠨ ᠳᠤ ᠣᠷᠣᠯᠴᠠᠵᠤ᠂ ᠬᠥᠮᠦᠨ ᠪᠦᠬᠦᠨ ᠬᠤᠰᠢᠭᠤᠴᠢ ᠪᠣᠯᠬᠤ ᠪᠠᠷ ᠴᠢᠷᠮᠠᠶᠢᠬᠤ︾ | ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠤᠯᠭᠠᠪᠠ᠃ | ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠬᠦᠷᠢᠶᠡᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ | ᠤᠷᠤᠯᠳᠤᠭᠠᠨ ᠢ ᠰᠢᠨ᠎ᠡ ᠶᠢ ᠡᠭᠦᠳᠦᠨ ᠦᠷᠨᠢᠬᠦᠯᠪᠡ᠃ ᠤᠯᠠᠮᠵᠢᠯᠠᠯᠲᠤ ᠰᠢᠯᠭᠠᠨ ᠬᠢᠨᠠᠬᠤ ᠵᠠᠭᠪᠤᠷ ᠢ ᠡᠪᠳᠡᠵᠦ᠂ ︽ᠣᠨᠣᠯ ᠤᠨ ᠪᠢᠷ ᠤᠨ ᠰᠢᠯᠭᠠᠯᠲᠠ + ᠪᠣᠳᠠᠲᠤ | ᠠᠵᠢᠯᠯᠠᠭᠠᠨ ᠤ ᠰᠣᠷᠢᠯᠲᠠ + ᠲᠤᠬᠠᠶ ᠶᠢᠨ ᠲᠠᠯᠠᠪᠠᠢ ᠶᠢᠨ ᠨᠣᠮ ᠬᠠᠶᠠᠯᠴᠠᠬᠤ + ᠰᠠᠭᠠᠳ ᠤᠨ ᠣᠨᠣᠰᠢᠯᠠᠯᠲᠠ︾ ᠶᠢᠨ ᠳᠥᠷᠪᠡᠨ ᠬᠡᠮᠵᠢᠯᠳᠦ ᠰᠢᠯᠭᠠᠨ ᠦᠨᠡᠯᠡᠬᠦ | ᠰᠢᠰᠲ᠋ᠧᠮᠵᠢ ᠶᠢ ᠬᠡᠷᠡᠭᠯᠡᠨ᠂ ᠦᠢᠯᠡᠳᠪᠦᠷᠢᠯᠡᠯ ᠤᠨ ᠪᠣᠳᠠᠲᠠᠶ ᠳᠤᠮᠳᠠᠬᠢ ᠡᠮᠵᠡᠭ ᠲᠠᠯ᠎ᠠ ᠬᠦᠴᠢᠷ ᠲᠠᠯ᠎ᠠ ᠶᠢ ᠤᠷᠤᠯᠳᠤᠭᠠᠨ ᠤ ᠰᠡᠳᠦᠪ ᠪᠣᠯᠭᠠᠨ ᠬᠤᠪᠢᠷᠠᠭᠤᠯᠵᠤ᠂ | ᠠᠵᠢᠯᠲᠠᠨ ᠠᠵᠢᠯᠴᠢᠨ ᠤ ︽ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ︾ ᠳᠤᠮᠳᠠ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ | ᠠᠬᠢᠭᠤᠯᠤᠨ᠂ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠮᠡᠷᠭᠡᠵᠢᠯ ᠰᠤᠷᠬᠤ᠂ ᠡᠷᠳᠡᠮ ᠴᠢᠳᠠᠪᠤᠷᠢ ᠪᠠᠨ ᠪᠣᠯᠪᠠᠰᠤᠷᠠᠭᠤᠯᠬᠤ ᠢᠳᠡᠪᠬᠢᠵᠢᠯ ᠢ ᠭᠦᠢᠴᠡᠳ | ᠬᠥᠭᠵᠢᠭᠡᠨ᠎ᠡ᠃ | ︽ᠨᠢᠭᠡ ᠮᠥᠩᠭᠦ︾ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠤᠷᠤᠯᠳᠤᠭᠠᠨ ᠢ ᠭᠦᠨᠵᠡᠭᠡᠶᠢᠷᠡᠭᠦᠯᠵᠦ᠂ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ | ᠠᠰᠢᠭ ᠢ ᠨᠡᠮᠡᠭᠳᠡᠭᠦᠯᠬᠦ ᠬᠠᠷᠠᠯᠲᠠ ᠶᠢ ᠠᠩᠭᠢ ᠳᠤᠭᠤᠶᠢᠯᠠᠩ ᠳᠤ ᠬᠤᠪᠢᠶᠠᠨ ᠥᠭᠴᠦ᠂ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠤᠨ᠂ ᠪᠥᠬᠦ ᠶᠠᠪᠤᠴᠠ ᠳᠤ | ᠬᠥᠳᠡᠯᠦᠩᠭᠦᠶ ᠪᠠᠷ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠃ 6 ᠰᠠᠷ᠎ᠠ ᠶᠢᠨ ᠰᠡᠭᠦᠯᠴᠢ ᠪᠣᠯᠲᠠᠯ᠎ᠠ᠂ ᠬᠥᠳᠡᠯᠮᠦᠷᠢ ᠶᠢᠨ ᠤᠷ᠎ᠠ ᠴᠢᠳᠠᠪᠤᠷᠢ ᠶᠢᠨ | ᠤᠷᠤᠯᠳᠤᠭᠠᠨ ᠢ 3 ᠤᠳᠠᠭ᠎ᠠ ᠡᠷᠭᠢᠯᠡᠵᠦ᠂ ᠤᠷᠤᠯᠳᠤᠭᠠᠨ ᠤ ᠠᠵᠢᠯᠯᠠᠭ᠎ᠠ ᠪᠠᠷ ᠳᠡᠮᠵᠢᠨ᠂ ᠺᠣᠮᠫᠠᠨᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 26 . 19 | ᠳ᠋ᠦᠩᠰᠢᠭᠤᠷ ᠬᠢᠯᠦᠸᠠᠲ ᠴᠠᠭ ᠲᠤ ᠬᠦᠷᠴᠦ᠂ ᠡᠭᠦᠨ ᠳᠤ ᠰᠠᠯᠬᠢᠨ ᠬᠦᠴᠦᠨ ᠤ ᠴᠠᠬᠢᠯᠭᠠᠨ ᠭᠠᠷᠭᠠᠭᠰᠠᠨ ᠬᠡᠮᠵᠢᠶ᠎ᠡ 1 . 17 ᠳ᠋ᠦᠩᠰᠢᠭᠤᠷ ᠬᠢᠯᠦᠸᠠᠲ ᠴᠠᠭ ᠲᠤ | ᠬᠦᠷᠴᠡᠶ︔ ᠴᠠᠬᠢᠯᠭᠠᠨ ᠬᠠᠩᠭᠠᠬᠤ ᠨᠡᠭᠦᠷᠡᠰᠦᠨ ᠤ ᠬᠤᠷᠣᠭᠳᠠᠯ ᠠᠳᠠᠯᠢ ᠬᠤᠭᠤᠴᠠᠭᠠᠨ ᠤ ᠬᠢ ᠠᠴᠠ 1 . 36 ᠭᠷᠠᠮ ᠬᠢᠯᠦᠸᠠᠲ ᠴᠠᠭ ᠪᠠᠭᠤᠷᠠᠵᠤ᠂ ᠲᠦᠯᠡᠰᠢ ᠶᠢᠨ | ᠥᠪᠡᠷ ᠤᠨ ᠥᠷᠲᠡᠭ ᠢ 154 ᠲᠦᠮᠡᠨ ᠲᠥᠭᠦᠷᠢᠭ ᠠᠷᠪᠢᠯᠠᠪᠠ︔ ᠭᠷᠠᠳᠦ᠋ᠰ ᠤᠨ ᠴᠠᠬᠢᠯᠭᠠᠨ ᠤ ᠥᠪᠡᠷ ᠤᠨ ᠥᠷᠲᠡᠭ ᠠᠳᠠᠯᠢ ᠬᠤᠭᠤᠴᠠᠭᠠᠨ ᠤ ᠬᠢ ᠠᠴᠠ 0 . | 87 ᠲᠥᠭᠦᠷᠢᠭ / ᠬᠢᠯᠦᠸᠠᠲ ᠴᠠᠭ ᠪᠠᠭᠤᠷᠠᠵᠤ᠂ ᠵᠠᠭᠤᠨ ᠳ᠋ᠦᠩᠰᠢᠭᠤᠷ ᠢ ᠰᠢᠪᠲᠤᠯᠬᠤ ᠬᠠᠷᠠᠯᠲᠠ ᠳᠤ ᠪᠠᠲᠤ ᠪᠠᠬᠢ ᠰᠠᠭᠤᠷᠢ ᠶᠢ ᠪᠠᠬᠢᠵᠢᠭᠦᠯᠪᠡ᠃ | ᠲᠠᠷᠠᠭᠠᠴᠢ ᠶᠢᠨ ᠠᠯᠬᠤᠮ ᠳᠤ᠂ ᠺᠣᠮᠫᠠᠨᠢ ᠶᠢᠨ ᠠᠵᠢᠯᠴᠢᠨ ᠤ ᠡᠪᠯᠡᠯ ᠬᠥᠳᠡᠯᠮᠦᠷᠢ ᠶᠢᠨ ᠤᠷᠤᠯᠳᠤᠭᠠᠨ ᠤ ᠦᠷ᠎ᠡ ᠪᠦᠲᠦᠮᠵᠢ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠷᠤᠯᠳᠤᠭᠠᠨ ᠤ ᠬᠡᠯᠪᠡᠷᠢ ᠪᠠ ᠠᠭᠤᠯᠭ᠎ᠠ ᠶᠢ ᠲᠠᠰᠤᠷᠠᠯᠲᠠ ᠥᠬᠡᠶ ᠰᠦᠪᠡᠭᠴᠢᠯᠡᠨ ᠰᠢᠨ᠎ᠡ ᠶᠢ ᠡᠭᠦᠳᠴᠦ᠂ ᠨᠠᠩ ᠥᠪᠡᠷᠮᠢᠴᠡ ᠣᠨᠴᠠᠯᠢᠭ ᠲᠠᠢ | ᠬᠥᠳᠡᠯᠮᠦᠷᠢ ᠶᠢᠨ ᠤᠷᠤᠯᠳᠤᠭᠠᠨ ᠤ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠠᠵᠢᠯ ᠤᠨ ᠬᠠᠯᠠᠭᠤᠨ | ᠰᠡᠳᠬᠢᠯᠭᠡ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠠᠵᠤ ᠠᠬᠤᠶᠢᠯᠠᠯ ᠤᠨ ᠪᠣᠬᠢᠷᠲᠤᠯ ᠥᠬᠡᠶ ᠪᠠᠷ | ᠬᠡᠯᠪᠡᠷᠢ ᠪᠠᠨ ᠬᠤᠪᠢᠷᠠᠭᠤᠯᠬᠤ ᠪᠠ ᠴᠢᠨᠠᠷ ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ |