ᠳ᠋ᠠᠪᠠᠨ ᠤ ᠮᠣᠩᠭᠤᠯ ᠦᠨᠳᠦᠰᠦᠳᠡᠨ ᠤ ᠪᠠᠭ᠎ᠠ ᠰᠣᠷᠭᠠᠭᠤᠯᠢ ᠨᠢ ᠪᠠᠶᠠᠯᠢᠭ ᠠᠭᠤᠯᠭ᠎ᠠ ᠲᠠᠢ ᠨᠠᠮ ᠤᠨ ᠡᠳᠦᠷᠯᠢᠭ ᠤᠨ ᠠᠵᠢᠯᠯᠠᠭᠠᠨ ᠦᠷᠨᠢᠬᠦᠯᠪᠠ
ᠨᠡᠶᠢᠲᠡᠯᠡᠭᠰᠡᠨ ᠴᠠᠭ᠄
2025/7/3
      ᠳ᠋ᠠᠪᠠᠨ ᠤ ᠮᠣᠩᠭᠤᠯ ᠦᠨᠳᠦᠰᠦᠳᠡᠨ ᠤ ᠪᠠᠭ᠎ᠠ ᠰᠣᠷᠭᠠᠭᠤᠯᠢ ᠨᠢ 7 ᠰᠠᠷ᠎ᠠ ᠶᠢᠨ 1᠎ ᠤ ᠡᠳᠦᠷ ᠪᠠᠶᠠᠯᠢᠭ ᠠᠭᠤᠯᠭ᠎ᠠ ᠲᠠᠢ ᠬᠦᠳᠡᠯᠭᠡᠭᠡᠨ ᠦᠷᠨᠢᠬᠦᠯᠵᠣ ᠨᠠᠮ ᠪᠠᠶᠢᠭᠤᠯᠣᠭᠳᠠᠭᠰᠠᠨ 104 ᠵᠢᠯ ᠤᠨ ᠣᠢ ᠪᠠᠨ ᠪᠡᠯᠭᠡᠯᠡᠭᠰᠡᠨ ᠪᠠᠶᠢᠨ᠎ᠠ᠃     ᠦᠳᠡ ᠶᠢᠨ ᠡᠮᠣᠨ᠎ᠠ ᠰᠣᠷᠭᠠᠭᠤᠯᠢ ᠠᠴᠠ ︽ᠣᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠨ᠂ ᠠᠷᠢᠭᠤᠨ ᠴᠢᠭᠡᠴᠢ ᠡᠷᠬᠢᠮ ᠴᠢᠨᠠᠷ ᠢᠶᠠᠨ ᠦᠨᠢᠳᠡ ᠬᠠᠳᠠᠭᠠᠯᠠᠶ᠎ᠠ︾ ᠭᠡᠬᠦ ᠭᠤᠣᠯ ᠰᠡᠳᠦᠪ ᠤᠨ ᠳᠣᠭᠤᠷᠢᠨ ᠳᠤ ᠰᠣᠷᠭᠠᠭᠤᠯᠢ ᠶᠢᠨ ᠣᠳᠣᠷᠢᠳᠬᠤ ᠪᠠᠭ ᠤᠨ ᠭᠡᠰᠢᠬᠦᠨ ᠪᠣᠯᠣᠨ ᠪᠦᠬᠦ ᠨᠠᠮ ᠤᠨ ᠭᠡᠰᠢᠬᠦᠳ ᠢᠳᠡᠪᠬᠢᠳᠡᠨ ᠪᠠᠭᠰᠢ ᠨᠠᠷ ᠢ ᠵᠣᠬᠢᠶᠠᠨ ᠪᠠᠶᠢᠭᠤᠯᠵᠣ᠂ ᠬᠤᠰᠢᠭᠤᠨ ᠤ ᠨᠠᠮ ᠤᠨ ᠰᠣᠷᠭᠠᠭᠤᠯᠢ ᠶᠢᠨ ᠨᠠᠮᠴᠢ ᠴᠢᠨᠠᠷ ᠤᠨ ᠰᠣᠷᠣᠯᠴᠠᠯᠭ᠎ᠠ ᠬᠦᠮᠦᠵᠢᠯ ᠤᠨ ᠰᠠᠭᠤᠷᠢᠨ ᠭᠠᠵᠠᠷ ᠢᠶᠠᠷ ᠳᠣᠭᠤᠷᠢᠨ ᠰᠣᠷᠣᠯᠴᠠᠵᠣ᠂  ᠪᠦᠬᠦ ᠨᠠᠮ ᠤᠨ ᠭᠡᠰᠢᠬᠦᠳ ᠨᠠᠮ ᠳᠤ ᠣᠷᠣᠬᠤ ᠳᠠᠩᠭᠠᠷᠢᠭ ᠢᠶᠠᠨ ᠳᠠᠬᠢᠨᠳᠠ ᠣᠩᠰᠢᠵᠣ᠂ ᠡᠬᠦᠷᠢᠳᠡ ᠨᠠᠮ ᠢᠶᠠᠨ ᠬᠠᠶᠢᠷᠠᠯᠠᠨ᠂ ᠨᠠᠮ ᠢᠶᠠᠨ ᠲᠠᠭᠠᠨ ᠣᠷᠣᠭᠰᠢᠯᠠᠬᠤ ᠵᠣᠷᠢᠭ ᠢᠶᠠᠨ ᠢᠯᠡᠳᠭᠡᠭᠰᠡᠨ ᠪᠠ ᠠᠬᠠᠮᠠᠳ ᠬᠤᠪᠢᠰᠬᠠᠯᠴᠢᠳ ᠤᠨ ᠠᠮᠢ ᠪᠠᠶ᠎ᠡ ᠪᠠᠨ ᠬᠠᠶᠢᠬᠤᠷᠣᠯ ᠦᠭᠡᠢ ᠬᠠᠳᠠᠭᠤᠵᠢᠯᠳᠠᠢ ᠳᠡᠮᠡᠴᠡᠭᠰᠡᠨ ᠵᠣᠷᠢᠭ ᠰᠠᠨᠠᠭ᠎ᠠ ᠶᠢ ᠰᠣᠷᠣᠯᠴᠠᠵᠣ᠂ ᠰᠢᠨ᠎ᠠ ᠴᠠᠭ ᠦᠶ᠎ᠡ ᠳᠤ ᠴᠠᠭ ᠢᠮᠠᠭᠳᠠ ᠦᠪᠡᠷ ᠤᠨ ᠪᠡᠶ᠎ᠡ ᠪᠠᠨ ᠰᠡᠷᠡᠮᠵᠢᠯᠡᠬᠦᠯᠦᠨ᠂ ᠠᠵᠢᠯ ᠦᠢᠯᠡᠰ ᠠᠩᠭ᠎ᠠ ᠭᠡᠣᠭᠡᠳ ᠲᠤ ᠪᠠᠨ ᠣᠰᠣᠯᠳᠣᠯ ᠦᠭᠡᠢ ᠴᠢᠷᠮᠠᠶᠢᠨ ᠵᠢᠳᠬᠦᠬᠦ ᠵᠣᠷᠢᠭ ᠢᠶᠠᠨ ᠢᠯᠡᠳᠭᠡᠭᠰᠡᠨ ᠪᠠᠶᠢᠨ᠎ᠠ᠃     ᠦᠳᠡ ᠶᠢᠨ ᠬᠤᠶᠢᠨ᠎ᠠ ᠰᠣᠷᠭᠠᠭᠤᠯᠢ ᠶᠢᠨ ᠣᠳᠣᠷᠢᠳᠣᠯᠭ᠎ᠠ ᠪᠣᠯᠣᠨ ᠨᠠᠮ ᠤᠨ ᠭᠡᠰᠢᠬᠦᠨ ᠪᠠᠭᠰᠢ ᠨᠠᠷ ᠰᠣᠷᠣᠭᠴᠢ ᠶᠢ ᠳᠠᠭᠠᠭᠤᠯᠣᠨ ᠰᠣᠷᠭᠠᠭᠤᠯᠢ ᠶᠢᠨ ᠬᠦᠳᠡᠯᠮᠣᠷᠢ ᠦᠢᠯᠡᠳᠦᠯᠭᠡ ᠶᠢᠨ ᠰᠠᠭᠤᠷᠢᠨ ᠭᠠᠵᠠᠷ ᠬᠦᠷᠴᠣ᠂ ᠨᠣᠭᠤᠭ᠎ᠠ ᠶᠢᠨ ᠳᠠᠯᠠᠪᠣᠷ ᠤᠨ ᠡᠪᠡᠰᠣ ᠠᠷᠢᠯᠭᠠᠬᠤ ᠵᠡᠷᠭᠡ ᠬᠦᠳᠡᠯᠮᠣᠷᠢ ᠳᠤ ᠪᠠᠶᠠᠴᠢᠯᠠᠨ ᠣᠷᠣᠯᠴᠠᠭᠤᠯᠵᠣ ᠪᠠᠷ ᠳᠠᠮᠵᠢᠨ᠂ ᠰᠣᠷᠣᠭᠴᠢᠳ ᠲᠤ ᠢᠳᠡᠰᠢᠨ ᠨᠣᠭᠤᠭ᠎ᠠ ᠶᠢ ᠳᠠᠷᠢᠵᠣ ᠠᠷᠠᠴᠢᠯᠠᠬᠤ ᠳᠣᠬᠠᠢ ᠮᠡᠳᠡᠯᠭᠡ ᠮᠡᠷᠭᠡᠵᠢᠯ ᠢ ᠡᠵᠡᠮᠰᠢᠬᠦᠯᠦᠨ᠂ ᠬᠦᠳᠡᠯᠮᠣᠷᠢ ᠎ ᠶᠢ ᠬᠠᠶᠢᠷᠠᠯᠠᠬᠤ᠂ ᠬᠦᠳᠡᠯᠮᠣᠷᠢ ᠶᠢᠨ ᠦᠷ᠎ᠡ ᠪᠦᠳᠦᠭᠡᠯ ᠢ ᠨᠠᠨᠳᠢᠩᠨᠠᠬᠤ ᠬᠦᠮᠦᠵᠢᠯ ᠬᠦᠷᠳᠡᠭᠡᠭᠰᠡᠨ ᠪᠠᠶᠢᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ