2025 ᠣᠨ ᠤ ᠪᠦᠬᠦ ᠣᠷᠣᠨ ᠤ ᠦᠨᠳᠦᠰᠦᠲᠡᠨ ᠤ ᠰᠤᠷ ᠬᠠᠷᠪᠣᠯᠲᠠ ᠶᠢᠨ ᠤᠷᠤᠯᠳᠤᠭᠠᠨ ᠪᠠᠭᠠᠷᠢᠨ ᠪᠠᠷᠠᠭᠤᠨ ᠬᠤᠰᠢᠭᠤᠨ ᠤ ᠠᠳᠣᠭᠤᠨ ᠲᠠᠯ᠎ᠠ ᠦᠵᠡᠮᠵᠢ ᠶᠢᠨ ᠣᠷᠣᠨ ᠳᠤ ᠡᠬᠢᠯᠡᠪᠡ
ᠨᠡᠶᠢᠲᠡᠯᠡᠭᠰᠡᠨ ᠴᠠᠭ᠄
2025/7/4
      7 ᠰᠠᠷ᠎ᠠ ᠶᠢᠨ 3᠎ ᠤ ᠡᠳᠦᠷ᠂ 2025 ᠣᠨ ᠤ ᠪᠦᠬᠦ ᠣᠷᠣᠨ ᠤ ᠦᠨᠳᠦᠰᠦᠲᠡᠨ ᠤ ᠰᠤᠷ ᠬᠠᠷᠪᠣᠯᠲᠠ ᠶᠢᠨ ᠤᠷᠤᠯᠳᠤᠭᠠᠨ ︽ᠰᠤᠷᠴᠢᠨ ᠤ ᠦᠯᠦᠬᠡᠢ︾ ᠬᠡᠮᠡᠭᠳᠡᠭᠰᠡᠨ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠠᠳᠣᠭᠤᠨ ᠲᠠᠯ᠎ᠠ ᠦᠵᠡᠮᠵᠢ ᠶᠢᠨ ᠣᠷᠣᠨ ᠳᠤ ᠡᠬᠢᠯᠡᠪᠡ᠂ ᠠᠵᠢᠯᠯᠠᠭᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠤᠯᠠᠭᠠᠨᠬᠠᠳᠠ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠣᠯᠤᠨ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠪᠡ᠃ 12 ᠠᠶᠢᠮᠠᠭ ᠬᠤᠲᠠ ᠶᠢᠨ 184 ᠰᠣᠳᠤᠨ ᠬᠠᠷᠪᠤᠭᠠᠴᠢᠳ ᠰᠤᠷ ᠬᠠᠷᠪᠤᠯᠳᠡ ᠶᠢᠨ ᠤᠷᠤᠯᠳᠤᠭᠠᠨ ᠳᠤ ᠣᠷᠣᠯᠴᠠᠪᠠ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ ᠯᠢ ᡁᠢ ᠶᠢᠦ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠠᠩ ᠮᠥ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠣᠶᠣᠯ ᠤᠬᠠᠭᠤᠯᠭ᠎ᠠ ᠶᠢᠨ ᠭᠠᠵᠠᠷ ᠤᠨ ᠳᠠᠷᠤᠭ᠎ᠠ ᠯᠢᠦ ᡁᠢ ᠪᠥᠸᠧ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂  ᠬᠤᠰᠢᠭᠤᠨ ᠤ ᠵᠠᠰᠠᠭ ᠤᠨ ᠣᠷᠳᠣᠨ ᠤ  ᠬᠤᠰᠢᠭᠤᠨ ᠳᠠᠷᠤᠭ᠎ᠠ ᠲᠢᠶᠠᠨ ᠶᠦᠩ ᠰᠢᠶᠠᠩ᠂ ᠤᠯᠠᠭᠠᠨᠬᠠᠳᠠ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠲᠡᠮᠦᠷᠪᠠᠭᠠᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠤᠤ ᠬᠤᠶ᠂ ᠬᠤᠰᠢᠭᠤᠨ ᠤ  ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠶᠠᠩ ᠶᠠᠩ᠂  ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠤᠮᠤᠭᠳᠤ ᠡᠬᠢᠯᠡᠯᠲᠡ ᠶᠢᠨ ᠶᠣᠰᠣᠯᠠᠯ ᠳᠤ ᠰᠠᠭᠠᠲᠠᠪᠠ᠃ ᠤᠯᠠᠭᠠᠨᠬᠠᠳᠠ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ  ᠰᠢᠶᠧ ᠶᠠᠨ ᠯᠢ ᠡᠬᠢᠯᠡᠯᠲᠡ ᠶᠢᠨ ᠶᠣᠰᠣᠯᠠᠯ ᠢ ᠡᠷᠭᠢᠯᠡᠪᠡ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠲᠢᠶᠠᠨ ᠶᠦᠩ ᠰᠢᠶᠠᠩ᠂ ᠶᠠᠩ ᠮᠦ ᠤᠷᠢᠳ ᠬᠤᠵᠢᠳ ᠪᠠᠶᠠᠷ ᠤᠨ ᠦᠭᠡ ᠬᠡᠯᠡᠵᠦ᠂ ᠯᠢ ᡁᠢ ᠶᠢᠦ ᠤᠷᠤᠯᠳᠤᠭᠠᠨ ᠡᠬᠢᠯᠡᠭᠰᠡᠨ ᠢ ᠵᠠᠷᠯᠠᠪᠠ᠃ ᠳᠥᠷᠪᠡᠨ ᠲᠤᠭᠴᠢ ᠤᠯᠤᠰ ᠤᠨ ᠲᠤᠭ ᠢ ᠥᠨᠳᠥᠷ ᠡᠷᠭᠦᠨ ᠲᠠᠯᠠᠪᠠᠶ ᠳᠤ ᠣᠷᠣᠵᠤ᠂ ᠦᠨᠳᠦᠰᠦᠲᠡᠨ ᠤ ᠪᠦᠯᠬᠦᠮᠳᠡᠯ ᠤᠨ ᠪᠡᠯᠬᠡᠳᠡᠯ ᠤᠨ ᠲᠤᠭ ᠬᠢᠯᠠᠯᠵᠠᠨ᠎ᠠ᠃ ᠬᠢᠨᠠᠭᠴᠢ ᠶᠢᠨ ᠵᠢᠭᠰᠠᠭᠠᠯ ᠤᠨ ᠡᠩᠨᠡᠭᠡ ᠶᠢᠨ ᠠᠯᠬᠤᠭ᠎ᠠ ᠢᠳᠡᠷᠡᠭᠦᠨ ᠪᠠᠶᠢᠵᠤ᠂ ︽ᠡᠷᠬᠡ ᠲᠡᠭᠰᠢ᠂ ᠲᠥᠪ ᠭᠤᠣᠯᠴᠢ᠂ ᠢᠯᠡ︾᠎  ᠵᠠᠷᠴᠢᠮ ᠢ ᠪᠠᠷᠢᠮᠳᠠᠯᠠᠨ ᠤᠷᠤᠯᠳᠤᠭᠠᠨ ᠢ ᠬᠠᠮᠠᠭᠠᠯᠠᠨ᠎ᠠ᠃ ᠡᠯ᠎ᠡ ᠠᠶᠢᠮᠠᠭ ᠬᠤᠲᠠ ᠶᠢᠨ ᠲᠥᠯᠥᠭᠡᠯᠡᠭᠴᠢᠳ ᠤᠨ ᠠᠩᠭᠢ ᠳᠠᠷᠠᠭᠠᠯᠠᠨ ᠲᠠᠯᠠᠪᠠᠢ ᠳᠤ ᠣᠷᠣᠵᠤ᠂ ᠤᠷᠤᠯᠳᠤᠭᠠᠨ ᠤ ᠲᠠᠯᠠᠪᠤᠷ ᠲᠤ ᠠᠬᠠᠮᠠᠳ ᠬᠠᠷᠪᠤᠭᠠᠴᠢᠳ ᠪᠠᠶᠢᠬᠤ ᠮᠥᠷᠲᠡᠭᠡᠨ ᠪᠠᠰᠠ ᠰᠢᠨ᠎ᠡ ᠵᠠᠯᠠᠭᠤ ᠬᠠᠷᠪᠤᠭᠠᠴᠢᠳ ᠪᠠᠶᠢᠵᠤ᠂ ᠲᠡᠳᠡ ᠰᠤᠷ ᠬᠠᠷᠪᠤᠯᠳᠡ ᠶᠢᠨ ᠬᠠᠯᠠᠭᠤᠨ ᠰᠡᠳᠬᠢᠯᠭᠡ ᠶᠢ ᠡᠪᠦᠷᠯᠡᠨ᠂ ᠤᠷᠤᠯᠳᠤᠭᠠᠨ ᠤ ᠲᠠᠯᠠᠪᠠᠢ ᠳᠤ ᠴᠢᠷᠮᠠᠶᠢᠨ ᠲᠡᠮᠡᠴᠡᠬᠦ ᠪᠠᠷ ᠪᠡᠯᠡᠳᠬᠡᠨ᠎ᠡ᠃ ᠬᠥᠮᠦᠰ ᠤᠨ ᠠᠩᠬᠠᠷᠤᠯ ᠢ ᠬᠠᠮᠤᠭ ᠠᠴᠠ ᠢᠯᠡᠭᠦᠦ ᠲᠠᠳᠠᠭᠰᠠᠨ ᠨᠢ ᠵᠢᠷᠭᠤᠭᠠᠨ ᠰᠠᠯᠠᠭ᠎ᠠ ᠥᠪᠡᠷᠮᠢᠴᠡ ᠣᠨᠴᠠᠯᠢᠭ ᠲᠠᠢ ᠵᠢᠭᠰᠠᠭᠠᠯ ᠤᠨ ᠡᠩᠨᠡᠭᠡ ᠪᠣᠯᠤᠨ᠎ᠠ᠄ ᠵᠠᠯᠠᠭᠤ ᠨᠠᠰᠤᠨ ᠤ ᠭᠡᠷᠡᠯ ᠬᠢᠯᠪᠠᠭ᠎ᠠ ᠰᠠᠴᠤᠷᠠᠭᠤᠯᠤᠭᠰᠠᠨ ᠵᠠᠯᠠᠭᠤ ᠪᠠᠭᠠᠴᠤᠳ ᠰᠤᠷ ᠬᠠᠷᠪᠤᠭᠠᠴᠢ ᠶᠢᠨ ᠡᠩᠨᠡᠭᠡ᠂ ᠵᠠᠭᠤᠨ ᠵᠢᠯ ᠤᠨ ᠡᠪᠡᠷ ᠨᠤᠮᠤ ᠡᠭᠦᠷᠦᠭᠰᠡᠨ ᠤᠷᠠᠨ ᠳᠠᠷᠬᠠᠨ ᠤ ᠡᠩᠨᠡᠭᠡ᠂ ᠠᠷᠢᠭᠤᠨ ᠲᠠᠷᠬᠠᠨ ᠬᠠᠳᠠᠭ ᠪᠠᠷᠢᠭᠰᠠᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠡᠩᠨᠡᠭᠡ᠂ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠦᠭᠰᠡᠨ ︽ᠠᠨᠠᠷ ᠤᠨ ᠰᠡᠳᠬᠢᠯᠭᠡ︾᠎ ᠲᠠᠢ ᠤᠯᠠᠨ ᠲᠦᠮᠡᠨ ᠤ ᠡᠩᠨᠡᠭᠡ᠂  ᠨᠠᠮᠨᠠᠭ᠎ᠠ ᠵᠢᠭᠰᠠᠭᠠᠯ ᠪᠣᠯᠤᠨ ᠤᠯᠠᠭᠠᠨ ᠲᠤᠭ ᠤᠨ ᠵᠢᠭᠰᠠᠭᠠᠯ ᠤᠨ ᠡᠩᠨᠡᠭᠡ ᠨᠢ ᠮᠣᠷᠢ ᠤᠨᠤᠵᠤ ᠳᠠᠪᠬᠢᠭᠤᠯᠤᠨ᠂ ᠮᠤᠷᠢᠨ ᠤ ᠨᠢᠷᠤᠭᠤᠨ ᠳᠡᠭᠡᠷᠡᠬᠢ ᠬᠦᠳᠡᠷ ᠴᠢᠭᠢᠷᠠᠭ ᠪᠡᠶ᠎ᠡ ᠪᠠᠶᠢᠳᠠᠯ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠦ᠂ ︽ᠮᠣᠩᠭᠤᠯ ᠮᠤᠷᠢᠨ ᠤ ᠵᠣᠷᠢᠭ ᠰᠠᠨᠠᠭ᠎ᠠ︾᠎ ᠶᠢᠨ ᠬᠠᠳᠠᠨ ᠵᠣᠷᠢᠭ ᠪᠣᠯᠤᠨ ᠣᠮᠤᠭ ᠲᠡᠭᠦᠯᠳᠡᠷ ᠢ ᠬᠠᠷᠠᠭᠤᠯᠤᠨ᠎ᠠ᠃    ᠲᠤᠰ ᠤᠳᠠᠭᠠᠨ ᠤ ᠤᠷᠤᠯᠳᠤᠭᠤᠨ ᠳᠤ ᠰᠠᠷᠡᠨ ᠫᠠᠢ ᠶᠢᠨ ᠡᠷᠡᠭᠲᠡᠶ ᠡᠮᠡᠭᠲᠡᠶ ᠶᠢᠨ ᠬᠠᠮᠲᠤ ᠶᠢᠨ ᠤᠷᠤᠯᠳᠤᠭᠠᠨ᠂ ᠬᠤᠪᠢ ᠬᠥᠮᠦᠨ ᠤ ᠤᠷᠤᠯᠳᠤᠭᠠᠨ᠂ ᠬᠠᠷᠪᠠᠭ᠎ᠠ ᠶᠢᠨ ᠡᠷᠡᠭᠲᠡᠶ ᠡᠮᠡᠭᠲᠡᠶ ᠶᠢᠨ ᠬᠠᠮᠲᠤ ᠶᠢᠨ ᠤᠷᠤᠯᠳᠤᠭᠠᠨ᠂ ᠬᠤᠪᠢ ᠬᠥᠮᠦᠨ ᠤ ᠤᠷᠤᠯᠳᠤᠭᠠᠨ᠂ ᠨᠠᠮᠨᠠᠭ᠎ᠠ ᠶᠢᠨ ᠦᠵᠡᠭᠦᠯᠦᠯᠭᠡ ᠶᠢᠨ ᠤᠷᠤᠯᠳᠤᠭᠠᠨ ᠵᠡᠷᠭᠡ ᠲᠥᠷᠥᠯ ᠵᠦᠢᠯ ᠢ ᠲᠣᠬᠢᠷᠠᠭᠤᠯᠵᠤ᠂ ᠬᠠᠪᠤᠷᠭᠠᠴᠢᠳ ᠰᠤᠳᠣᠨ ᠰᠠᠶᠢᠬᠠᠨ ᠤᠷ᠎ᠠ ᠮᠡᠷᠭᠡᠵᠢᠯ ᠢᠶᠠᠨ ᠭᠠᠶᠢᠬᠠᠭᠤᠯᠪᠠ᠃      ᠪᠠᠭᠠᠷᠢᠨ ᠪᠠᠷᠠᠭᠤᠨ ᠬᠤᠰᠢᠭᠤ ᠨᠢ ᠭᠦᠨ ᠵᠤᠵᠠᠭᠠᠨ ᠰᠤᠷ ᠬᠠᠷᠪᠤᠯᠳᠡ ᠶᠢᠨ ᠠᠭᠤᠯᠤᠮᠵᠢ ᠪᠠᠷ ︽ᠵᠠᠰᠠᠭ ᠤᠨ ᠣᠷᠳᠣᠨ ᠭᠤᠣᠯᠯᠠᠨ ᠤᠳᠤᠷᠢᠳᠴᠤ᠂ ᠨᠡᠶᠢᠭᠡᠮᠯᠢᠭ ᠲᠠᠶᠢᠴᠢᠯᠠᠨ᠂ ᠤᠯᠠᠨ ᠲᠦᠮᠡᠨ ᠣᠷᠣᠯᠴᠠᠭᠰᠠᠨ︾ ᠤᠨᠴᠠᠯᠢᠬᠳᠤ ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠪᠡ᠃ ᠪᠦᠬᠦ ᠬᠤᠰᠢᠭᠤᠨ ᠤ ᠪᠠᠶᠢᠩᠭᠤ ᠶᠢᠨ ᠰᠤᠷᠭᠠᠭᠴᠢ 300᠎ ᠶᠢ ᠳᠠᠪᠠᠵᠤ᠂ ᠣᠯᠠᠨ ᠤᠯᠤᠰ ᠤᠨ ᠲᠡᠰ᠂ ᠤᠯᠤᠰ ᠤᠨ ᠲᠡᠰ ᠤᠨ ᠰᠢᠯᠢᠳᠡᠭ ᠲᠠᠮᠢᠷᠴᠢᠨ ᠢ ᠬᠥᠮᠦᠵᠢᠭᠦᠯᠦᠨ  ᠭᠠᠷᠭᠠᠭᠰᠠᠨ ᠪᠠᠶᠢᠨ᠎ᠠ᠃ ᠥᠷᠨᠢᠭᠦᠨ ᠬᠥᠭᠵᠢᠩᠭᠦᠶ ᠰᠤᠷ ᠬᠠᠷᠪᠤᠯᠳᠡ ᠶᠢᠨ ᠬᠥᠳᠡᠯᠭᠡᠭᠡᠨ ᠨᠢ ᠤᠯᠠᠮᠵᠢᠯᠠᠯᠲᠤ ᠨᠤᠮᠤ ᠰᠤᠮᠤ ᠦᠢᠯᠡᠳᠬᠦ ᠬᠥᠭᠵᠢᠯᠲᠡ ᠶᠢ ᠨᠠᠩ ᠳᠠᠶᠢᠴᠢᠯᠠᠵᠤ᠂ ᠴᠤᠯᠤ ᠭᠠᠷ ᠬᠢᠴᠡᠲᠦ ᠡᠪᠡᠷᠲᠦ ᠨᠤᠮᠤ ᠨᠢ ᠵᠠᠭᠤ ᠭᠠᠷᠤᠶ ᠵᠦᠢᠯ ᠤᠨ ᠠᠵᠢᠯ ᠤᠨ ᠳᠠᠷᠠᠭᠠᠯᠠᠯ ᠳᠤ ᠲᠦᠰᠢᠭᠯᠡᠨ ᠬᠤᠪᠣᠷ ᠨᠠᠨᠳᠢᠨ ᠰᠣᠶᠣᠯ ᠤᠨ ᠥᠪ ᠪᠣᠯᠵᠤ᠂ ᠦᠢᠯᠡᠳᠦᠭᠰᠡᠨ ᠦᠢᠯᠡᠳᠬᠦᠨ ᠨᠢ ᠤᠯᠤᠰ ᠤᠨ ᠳᠣᠲᠣᠭᠠᠳᠤ ᠭᠠᠳᠠᠭᠠᠳᠤ ᠳᠤ ᠪᠣᠷᠣᠯᠠᠭᠤᠯᠤᠭᠳᠠᠵᠤ᠂ ᠲᠤᠬᠠᠶ ᠶᠢᠨ ᠭᠠᠵᠠᠷ ᠤᠨ ᠠᠵᠤ ᠠᠬᠤᠶ ᠳᠤ ᠠᠮᠢᠵᠢᠷᠠᠯ ᠤᠨ ᠬᠦᠴᠦᠨ ᠨᠡᠮᠡᠷᠢᠯᠡᠪᠡ᠃      ᠲᠤᠰ ᠤᠳᠠᠭᠠᠨ ᠤ ᠤᠷᠤᠯᠳᠤᠭᠠᠨ ᠨᠢ ᠨᠢᠭᠡ ᠤᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠦᠪᠡᠳᠡᠭᠰᠢ ᠴᠤᠭᠯᠠᠭᠠᠨ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠤᠳᠠᠭᠠᠨ ᠤ ᠰᠣᠶᠣᠯ ᠤᠨ ᠲᠣᠭᠤᠷᠢᠨ ᠦᠵᠡᠭᠦᠯᠭᠡ᠂ ᠨᠢᠭᠡ ᠤᠳᠠᠭᠠᠨ ᠤ ᠦᠨᠳᠦᠰᠦᠲᠡᠨ ᠤ ᠪᠦᠯᠬᠦᠮᠳᠡᠯ ᠤᠨ ᠦᠪᠡᠳᠡᠭᠰᠢ ᠴᠤᠭᠯᠠᠭᠠᠨ ᠮᠥᠨ᠂  ᠬᠦᠪᠴᠢ ᠪᠠᠨ ᠲᠡᠯᠡᠵᠦ ᠰᠤᠮᠤ ᠬᠠᠷᠪᠤᠬᠤ ᠪᠠᠷ ᠥᠨᠢ ᠤᠳᠠᠭᠠᠨ ᠰᠤᠷ ᠬᠠᠷᠪᠤᠯᠳᠡ ᠶᠢᠨ ᠤᠯᠠᠮᠵᠢᠯᠠᠯ ᠢ ᠬᠤᠯᠪᠣᠭᠰᠠᠨ ᠪᠥᠭᠡᠳ ᠪᠠᠰᠠ ᠦᠨᠳᠦᠰᠦᠲᠡᠨ ᠤ ᠪᠡᠶ᠎ᠡ ᠶᠢᠨ ᠲᠠᠮᠢᠷ ᠤᠨ ᠥᠷᠨᠢᠩᠭᠦᠢ ᠬᠥᠭᠵᠢᠯᠲᠡ ᠶᠢᠨ ᠢᠷᠡᠭᠡᠳᠦᠢ ᠶᠢ ᠵᠢᠭᠠᠭᠰᠠᠨ ᠪᠠᠶᠢᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ