ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ ᠦᠨᠳᠦᠰᠦᠲᠡᠨ ᠤ ᠭᠠᠵᠠᠷ ᠣᠷᠣᠨ ᠤ ᠬᠢᠲᠠᠳ ᠡᠪᠡᠰᠦᠨ ᠡᠮ ᠤᠨ ᠠᠵᠤ  ᠦᠢᠯᠡᠰ ᠤᠨ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ ᠵᠥᠪᠯᠡᠯᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/7/4
       7 ᠰᠠᠷ᠎ᠠ ᠶᠢᠨ 3᠎ ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ︽ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ ᠦᠨᠳᠦᠰᠦᠲᠡᠨ ᠤ ᠭᠠᠵᠠᠷ ᠣᠷᠣᠨ ᠤ ᠬᠢᠲᠠᠳ ᠡᠪᠡᠰᠦᠨ ᠡᠮ ᠤᠨ ᠠᠵᠤ  ᠦᠢᠯᠡᠰ ᠤᠨ ᠬᠥᠭᠵᠢᠯᠲᠡ ᠶᠢ ᠠᠬᠢᠭᠤᠯᠬᠤ︾ ᠲᠣᠭᠤᠷᠢᠨ ᠳᠤ ᠲᠤᠰᠬᠠᠶ ᠰᠡᠳᠦᠪᠲᠦ ᠲᠥᠷᠥ ᠶᠢᠨ ᠶᠠᠪᠤᠳᠠᠯ ᠢ ᠵᠥᠪᠯᠡᠬᠦ ᠴᠢᠨᠠᠷᠲᠠᠶ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠼᠠᠢ ᠶᠦᠩ ᠬᠤᠶ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠱᠠᠩ ᠬᠤᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠰᠮᠦ᠋ᠷᠡᠨ᠂ ᠡᠤ ᠶᠦᠩ ᠰᠢᠶᠠᠩ᠂ ᠸᠠᠩ ᠢ ᠬᠤᠷᠠᠯ ᠳᠤ  ᠰᠠᠭᠠᠲᠠᠪᠠ᠃ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠣᠯᠤᠨ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ  ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠰᠤᠯᠠ ᠣᠷᠣᠯᠴᠠᠵᠠᠶ᠃       ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠡᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢ ᠰᠤᠷᠤᠯᠴᠠᠪᠠ︔ ᠱᠢ ᠱᠠᠩ ᠬᠤᠢ ᠪᠦᠬᠦ ᠬᠤᠰᠢᠭᠤᠨ ᠤ ᠬᠢᠲᠠᠳ ᠡᠪᠡᠰᠦᠨ ᠡᠮ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ︔ ᠦ᠋ ᠶᠦᠩ ᠰᠢᠶᠠᠩ ᠪᠠᠶᠢᠴᠠᠭᠠᠨ ᠰᠤᠳᠤᠯᠬᠤ ᠳᠤᠭᠤᠶᠢᠯᠠᠩ ᠤᠨ ᠡᠮᠦᠨ᠎ᠡ ᠠᠴᠠ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠲᠣᠳᠣᠷᠬᠠᠶᠢᠯᠠᠯᠲᠠ ᠬᠢᠪᠠ︔ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠪᠣᠯᠤᠨ ᠭᠡᠰᠢᠭᠦᠨ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠷᠢᠯᠴᠠᠨ ᠶᠠᠷᠢᠶ᠎ᠠ ᠲᠠᠯᠪᠢᠵᠤ᠂ ᠪᠥᠬᠦ ᠬᠤᠰᠢᠭᠤᠨ ᠤ ᠬᠢᠲᠠᠳ ᠡᠪᠡᠰᠦᠨ ᠡᠮ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠡᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠦᠷᠢᠮ ᠲᠣᠭᠲᠠᠭᠠᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠴᠤ᠂ ᠲᠥᠪ ᠤᠨ  ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ ᠲᠡᠮᠦᠷ ᠶᠣᠰᠣ ᠲᠦᠷᠢᠮ᠂ ᠬᠠᠲᠠᠭᠤ ᠪᠠᠷᠢᠮᠵᠢᠶ᠎ᠠ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠶ︔ ᠮᠡᠳᠡᠮᠡᠭᠴᠡ ᠪᠠᠨ ᠰᠠᠶᠢᠵᠢᠷᠠᠭᠤᠯᠬᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠶᠢ ᠪᠡᠶᠡᠯᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠬᠠᠷᠢᠯᠴᠠᠭ᠎ᠠ ᠥᠷᠭᠡᠨ ᠳᠡᠯᠭᠡᠷ ᠳᠠᠪᠠᠭᠤᠯᠢᠭ ᠢ ᠪᠠᠳᠠᠷᠠᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡ ᠶᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ︔ ᠠᠵᠤ ᠦᠢᠯᠡᠰ ᠎ ᠤᠨ ᠬᠥᠭᠵᠢᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠦᠵᠡᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠵᠦᠢᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠪᠠᠷ ᠬᠢᠲᠠᠳ ᠡᠪᠡᠰᠦᠨ ᠡᠮ ᠤᠨ ᠠᠵᠤ ᠦᠢᠯᠡᠰ ᠲᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ︔ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠠᠰᠢᠭᠯᠠᠨ ᠠᠵᠤ ᠦᠢᠯᠡᠰ ᠎ ᠤᠨ ᠬᠥᠭᠵᠢᠯᠲᠡ ᠶᠢᠨ ᠱᠠᠭᠠᠷᠳᠠᠯᠭ᠎ᠠ ᠶᠢ ᠴᠠᠭ ᠲᠤᠬᠠᠶ ᠳᠤᠨᠢ ᠲᠤᠰᠬᠠᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠢ ᠬᠠᠮᠵᠢᠨ ᠦᠵᠡᠯ ᠰᠠᠨᠠᠭᠠᠨ ᠤ ᠵᠢᠯᠣᠭᠤᠳᠤᠮᠵᠢ ᠶᠢ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠦᠵᠡᠯ ᠰᠠᠨᠠᠭ᠎ᠠ ᠠᠵᠢᠯᠯᠠᠭ᠎ᠠ ᠶᠢ ᠨᠢᠭᠡᠳᠬᠡᠨ᠂ ᠬᠢᠲᠠᠳ ᠡᠪᠡᠰᠦᠨ ᠡᠮ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠪᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ