ᠮᠠᠨ ᠤ ᠬᠤᠰᠢᠭᠤ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠢᠨᠵᠧᠨᠧᠷᠢᠩ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2025/7/4
     ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ︽ᠪᠠᠶᠠᠨ ᠠᠭᠤᠷᠬᠠᠶ︾᠎ ᠶᠢ ᠪᠦᠬᠦ ᠲᠠᠯ᠎ᠠ ᠪᠠᠷ ᠠᠭᠤᠳᠠᠯᠬᠤ ᠶᠢᠨ ᠲᠤᠰᠠᠳᠠ᠂ ᠪᠠᠭᠠᠷᠢᠨ ᠪᠠᠷᠠᠭᠤᠨ ᠬᠤᠰᠢᠭᠤ ︽4 + 1 ᠢᠨᠵᠧᠨᠧᠷᠢᠩ︾᠎ ᠢᠶᠠᠷ ᠭᠤᠣᠯ ᠪᠣᠯᠭᠠᠨ᠂ ︽ᠳᠣᠯᠣᠭᠠᠨ ᠵᠠᠭᠤ︾᠎ ᠪᠠᠷ ᠭᠠᠷᠳᠠᠴᠠ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠰᠤᠳᠤᠯᠤᠨ ᠲᠠᠶᠢᠯᠪᠤᠷᠢᠯᠠᠬᠤ᠂ ᠵᠣᠬᠢᠶᠠᠨ ᠪᠦᠲᠦᠭᠡᠬᠦ᠂ ᠤᠯᠠᠮᠵᠢᠯᠠᠬᠤ᠂ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠢᠨᠵᠧᠨᠧᠷᠢᠩ ᠲᠠᠢ ᠤᠶᠠᠯᠳᠤᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠪᠦᠬᠦ ᠲᠠᠯ᠎ᠠ ᠶᠢᠨ ᠳᠡᠭᠡᠭᠰᠢᠯᠡᠯᠲᠡ ᠪᠠ ᠬᠥᠭᠵᠢᠯᠲᠡ ᠶᠢ ᠪᠡᠶᠡᠯᠡᠬᠦᠯᠦᠨ᠎ᠡ᠃ ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ︽︿ᠵᠠᠭᠤᠨ ᠲᠣᠰᠬᠤᠨ ᠥᠩᠭᠡ ᠭᠢᠯᠪᠠᠭ᠎ᠠ ᠪᠠᠨ ᠰᠠᠴᠤᠷᠠᠭᠤᠯᠵᠤ᠂ ᠤᠷᠠᠯᠢᠭ ᠤᠨ ᠬᠥᠭ ᠠᠶᠠᠰᠤᠳᠤ ᠤᠮᠠᠷᠠᠲᠤ ᠬᠢᠯᠢ﹀᠎ ᠶᠢᠨ ᠪᠠᠭᠠᠷᠢᠨ ᠪᠠᠷᠠᠭᠤᠨ ᠬᠤᠰᠢᠭᠤᠨ ᠤ ᠵᠠᠭᠤᠨ ᠲᠣᠰᠬᠤᠨ ᠢᠶᠠᠷ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠠᠵᠢᠯᠯᠠᠭ᠎ᠠ︾᠎ ᠶᠢᠨ ᠰᠢᠷᠢᠰ ᠠᠵᠢᠯᠯᠠᠭ᠎ᠠ ᠶᠢ ᠡᠷᠭᠢᠯᠡᠵᠦ᠂ ᠤᠳᠬ᠎ᠠ ᠤᠷᠠᠯᠢᠭ ᠤᠨ ᠪᠠᠭ᠋ᠠᠳᠠᠨ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢ ᠵᠣᠬᠢᠶᠠᠨ ᠪᠠᠶᠢᠭᠤᠯᠵᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠪᠠ ᠰᠤᠷᠭᠠᠭᠤᠯᠢ ᠳᠤ ᠭᠦᠨᠵᠡᠭᠡᠶᠢᠷᠡᠨ᠂ ᠡᠯᠪᠡᠭ ᠪᠠᠶᠠᠯᠢᠭ ᠤᠳᠬ᠎ᠠ ᠠᠭᠤᠯᠭ᠎ᠠ ᠲᠠᠢ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠶᠢ ᠳᠥᠯᠭᠢᠨ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠪᠠᠷ ᠦᠨᠳᠦᠰᠦᠨ ᠱᠠᠲᠤᠨ ᠤ ᠰᠣᠶᠣᠯ ᠤᠨ ᠠᠮᠢᠳᠤᠷᠠᠯ ᠢ ᠭᠡᠷᠡᠯᠲᠦᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠥᠯᠭᠢᠨ ᠠᠬᠢᠭᠤᠯᠪᠠ᠃      ᠠᠵᠢᠯᠯᠠᠭ᠎ᠠ ᠳᠤᠮᠳᠠ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠠᠴᠠ ᠳ᠋ᠠᠪᠠᠨ ᠪᠠᠯᠭᠠᠰᠤᠨ ᠤ  ᠶᠢᠰᠦᠠᠮᠤᠳᠤ ᠭᠠᠴᠠᠭ᠎ᠠ ᠶᠢᠨ ᠤᠯᠠᠨ ᠲᠦᠮᠡᠨ ᠳᠤ ᠭᠤᠶᠢᠳᠠ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠤᠨ ᠲᠣᠭᠯᠠᠯᠲᠠ ᠭᠠᠷᠭᠠᠵᠤ᠂ ᠭᠤᠶᠢᠳᠠ ᠰᠠᠶᠢᠬᠠᠨ ᠤᠯᠠᠮᠵᠢᠯᠠᠯᠲᠤ ᠭᠠᠷ ᠤᠷᠠᠯᠠᠯ ᠢ ᠳᠡᠯᠭᠡᠨ ᠦᠵᠡᠭᠦᠯᠵᠡᠢ︔ ᠳᠠᠷᠬᠠᠨ ᠵᠡᠭᠡᠯᠢ ᠭᠤᠳᠤᠮᠵᠢ ᠶᠢᠨ ᠪᠠᠶ ᠯᠢᠩ ᠨᠡᠶᠢᠭᠡᠮ ᠲᠣᠭᠤᠷᠢᠭ ᠲᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠢᠭᠡ ᠤᠳᠠᠭᠠᠨ ᠤ ᠪᠥᠵᠢᠭ᠂ ᠰᠢ ᠵᠦᠴᠦᠭᠡ ᠶᠢᠨ ᠲᠣᠭᠯᠠᠯᠲᠠ ᠠᠪᠴᠢᠷᠠᠵᠠᠶ︔ ᠯᠤᠤᠳᠤᠪᠠᠨ ᠭᠠᠴᠠᠭᠠᠨ ᠳᠤ᠂ ᠲᠣᠰᠬᠤᠨ ᠤ ᠠᠷᠠᠳ ᠲᠠᠢ ᠭᠦᠨᠵᠡᠭᠡᠶ ᠶᠠᠷᠢᠯᠴᠠᠭ᠎ᠠ ᠰᠤᠯᠢᠯᠴᠠᠭ᠎ᠠ ᠦᠷᠨᠢᠬᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠠᠷᠤ ᠳᠠᠬᠢ ᠰᠣᠶᠣᠯ ᠤᠨ ᠠᠭᠤᠯᠤᠭᠳᠠᠬᠤᠨ ᠢ ᠬᠤᠪᠢᠶᠠᠯᠴᠠᠪᠠ︔ ᠳ᠋ᠠᠪᠠᠨ ᠤ ᠮᠣᠩᠭᠤᠯ ᠦᠨᠳᠦᠰᠦᠲᠡᠨ ᠤ ᠲᠣᠷᠰᠢᠯᠲᠠ ᠶᠢᠨ ᠪᠠᠭ᠎ᠠ ᠰᠤᠷᠭᠠᠭᠤᠯᠢ ᠶᠢᠨ ᠬᠦᠷᠢᠶᠡᠨ ᠳᠤ᠂ ᠬᠡᠦᠬᠡᠳ ᠤᠳ ᠢ ᠬᠦᠯᠢᠴᠡᠩᠭᠦᠢ ᠪᠠᠷ ᠵᠢᠭᠠᠨ ᠵᠢᠯᠣᠭᠤᠳᠴᠤ ᠪᠠᠶᠢᠭᠠᠳ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠣᠶᠢᠯᠠᠭᠠᠭᠤᠯᠵᠤ᠂ ᠤᠯᠠᠮᠵᠢᠯᠠᠯᠲᠤ ᠰᠣᠶᠣᠯ ᠢ ᠬᠡᠦᠬᠡᠳ ᠤᠳ ᠤᠨ ᠰᠡᠳᠬᠢᠯ ᠳᠤ ᠦᠷ᠎ᠠ ᠰᠠᠴᠤᠭᠰᠠᠨ ᠪᠠᠶᠢᠨ᠎ᠠ᠃       ᠲᠣᠰ ᠤᠳᠠᠭᠠᠨ ᠤ ︽ᠵᠠᠭᠤᠨ ᠤᠷᠠᠯᠢᠭ ᠢᠶᠠᠷ ᠵᠠᠭᠤᠨ ᠲᠣᠰᠬᠤᠨ ᠢ ᠤᠮᠳᠠᠯᠠᠬᠤ︾ ᠠᠵᠢᠯᠯᠠᠭ᠎ᠠ ᠪᠣᠯ ᠪᠠᠭᠠᠷᠢᠨ ᠪᠠᠷᠠᠭᠤᠨ ᠬᠤᠰᠢᠭᠤᠨ ᠤ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠢᠨᠵᠧᠨᠧᠷᠢᠩ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠪᠥᠬᠦ ᠬᠤᠰᠢᠭᠤᠨ ᠤ ᠡᠯ᠎ᠡ ᠰᠣᠶᠣᠯ ᠤᠷᠠᠯᠢᠭ ᠤᠨ ᠨᠡᠶᠢᠭᠡᠮᠯᠢᠭ ᠵᠢᠴᠢ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠯ᠎ᠡ ᠨᠡᠶᠢᠭᠡᠮᠯᠢᠭ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ ᠭᠠᠴᠠᠭ᠎ᠠ ᠲᠣᠰᠬᠤᠨ᠂ ᠰᠤᠷᠭᠠᠭᠤᠯᠢ ᠲᠠᠢ ᠨᠠᠷᠢᠨ ᠣᠨᠣᠪᠴᠢᠲᠠᠶ ᠪᠠᠷ ᠬᠤᠤᠰᠯᠠᠵᠤ᠂ ᠡᠯ᠎ᠡ ᠬᠦᠷᠢᠶᠡᠨ ᠤ ᠤᠳᠬ᠎ᠠ ᠤᠷᠠᠯᠢᠭ ᠤᠨ ᠠᠵᠢᠯᠲᠠᠳ ᠢ ᠨᠠᠷᠢᠨ ᠨᠢᠮᠪᠠᠶ ᠰᠢᠯᠢᠨ ᠰᠣᠩᠭᠤᠬᠤ ᠶᠢᠨ ᠬᠠᠮᠲᠤ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ᠎ᠡ᠃ ᠤᠳᠤ ᠪᠣᠯᠲᠠᠯ᠎ᠠ᠂ 37 ᠤᠳᠬ᠎ᠠ ᠤᠷᠠᠯᠢᠭ ᠤᠨ ᠠᠵᠢᠯᠳᠠᠨ ᠨᠢᠭᠡᠨᠲᠡ ᠬᠠᠪᠰᠤᠷᠤᠨ ᠲᠡᠳᠬᠦᠬᠦ ᠬᠤᠯᠪᠤᠭ᠎ᠠ ᠪᠠᠶᠢᠭᠤᠯᠬᠤ ᠠᠵᠢᠯ ᠢ ᠪᠡᠶᠡᠯᠡᠭᠦᠯᠵᠦ᠂ ᠬᠤᠯᠪᠣᠭᠳᠠᠯ ᠪᠦᠬᠦᠢ ᠰᠣᠶᠣᠯ ᠤᠨ ᠠᠵᠢᠯᠯᠠᠭ᠎ᠠ ᠶᠢ 60 ᠤᠳᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠨᠡᠩ ᠴᠤ ᠪᠣᠳᠠᠰ ᠤᠨ ᠪᠤᠰᠤ ᠰᠣᠶᠣᠯ ᠤᠨ ᠥᠪ ᠢ ᠦᠨᠳᠦᠰᠦᠨ ᠱᠠᠲᠤᠨ ᠳᠤ ︽ᠠᠮᠢᠯᠠᠭᠤᠯᠵᠤ︾᠂ ︽ᠬᠥᠭᠵᠢᠭᠡᠵᠦ︾᠂ ᠦᠨᠳᠦᠰᠦᠨ ᠱᠠᠲᠤᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠨᠡᠪᠴᠢᠭᠦᠯᠵᠦ᠂ ᠤᠨᠴᠠᠯᠢᠬᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠪᠦᠷᠢᠯᠳᠦᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠢᠷᠡᠭᠡᠳᠦᠶ ᠳᠤ᠂ ᠪᠠᠭᠠᠷᠢᠨ ᠪᠠᠷᠠᠭᠤᠨ ᠬᠤᠰᠢᠭᠤ ︽ᠵᠠᠭᠤᠨ ᠤᠷᠠᠯᠢᠭ ᠢᠶᠠᠷ ᠵᠠᠭᠤᠨ ᠲᠣᠰᠬᠤᠨ ᠢ ᠤᠮᠳᠠᠯᠠᠬᠤ︾ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢᠨ ᠰᠢᠷᠢᠰ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠪᠣᠳᠠᠰ ᠤᠨ ᠪᠤᠰᠤ ᠰᠣᠶᠣᠯ ᠤᠨ ᠥᠪ ᠢ ᠦᠨᠳᠦᠰᠦᠨ ᠱᠠᠲᠤᠨ ᠳᠤ ᠬᠦᠷᠭᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠲᠠᠰᠤᠷᠠᠯᠲᠠ ᠥᠬᠡᠶ ᠠᠮᠢᠵᠢᠷᠠᠯ ᠤᠨ ᠬᠦᠴᠦᠨ ᠨᠡᠮᠡᠷᠢᠯᠡᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ